4 Star 0 Fork 0

thjkhdf12/kylin-imu

加入 Gitee
与超过 1200万 开发者一起发现、参与优秀开源项目,私有仓库也完全免费 :)
免费加入
克隆/下载
ᠣᠶᠤᠨ.txt 16.46 KB
一键复制 编辑 原始数据 按行查看 历史
thjkhdf12 提交于 2023-07-26 15:11 . 1.2版
ᠨᠢᠭᠡ᠂ ᠢᠨᠵᠧᠨᠧᠷᠢᠩ ᠦᠨ ᠰᠤᠳᠤᠯᠤᠯ ᠦᠨ ᠲᠥᠪ ᠦᠨ ᠲᠣᠪᠴᠢ ᠲᠠᠨᠢᠯᠴᠠᠭᠤᠯᠭ᠎ᠠ
ᠮᠣᠩᠭᠣᠯ ᠬᠡᠯᠡᠨ ᠦ ᠤᠶᠤᠨᠲᠤ ᠮᠡᠳᠡᠭᠡ ᠵᠠᠩᠭᠢ ᠰᠢᠢᠳᠪᠦᠷᠢᠯᠡᠬᠦ ᠮᠡᠷᠭᠡᠵᠢᠯ ᠤᠯᠤᠰ ᠤᠨ ᠣᠷᠣᠨ ᠨᠤᠲᠤᠭ ᠤᠨ ᠬᠠᠮᠲᠤᠷᠠᠭᠰᠠᠨ ᠢᠨᠵᠧᠨᠧᠷᠢᠩ ᠦᠨ ᠰᠤᠳᠤᠯᠭᠠᠨ ᠤ ᠲᠥᠪ ᠪᠣᠯ ᠥᠪᠥᠷ ᠮᠣᠩᠭᠣᠯ ᠤᠨ ᠶᠡᠬᠡ ᠰᠤᠷᠭᠠᠭᠤᠯᠢ ᠶᠢᠨ ᠠᠩᠬᠠᠳᠠᠭᠴᠢ ᠤᠯᠤᠰ ᠤᠨ ᠣᠷᠣᠨ ᠨᠤᠲᠤᠭ ᠤᠨ ᠬᠠᠮᠲᠤᠷᠠᠭᠰᠠᠨ ᠢᠨᠵᠧᠨᠧᠷᠢᠩ ᠦᠨ ᠰᠤᠳᠤᠯᠭᠠᠨ ᠤ ᠲᠥᠪ ᠪᠣᠯᠤᠨ᠎ᠠ ᠂ 2019 ᠣᠨ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠦᠨ ᠴᠤᠬᠤᠯᠠᠪᠤᠷᠢᠯᠠᠨ ᠬᠠᠷᠢᠭᠤᠯᠤᠭᠰᠠᠨ ᠪᠥᠲᠥᠭᠡᠨ ᠪᠠᠶᠢᠭᠤᠯᠤᠯᠲᠠ ᠶᠢ ᠭᠥᠷᠳᠡᠪᠡ ᠃ ᠢᠨᠵᠧᠨᠧᠷᠢᠩ ᠦᠨ ᠰᠤᠳᠤᠯᠭᠠᠨ ᠤ ᠲᠥᠪ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠣᠬᠢᠶᠠᠮᠠᠯ ᠤᠶᠤᠨ ᠴᠢᠳᠠᠪᠤᠷᠢ ᠪᠠ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠂ ᠤᠯᠤᠰ ᠤᠨ ᠴᠥᠭᠡᠨ ᠲᠣᠭᠠᠲᠤ ᠦᠨᠳᠦᠰᠦᠲᠡᠨ ᠦ ᠰᠣᠶᠣᠯ ᠤᠨ ᠦᠶᠯᠡᠰ ᠦᠨ ᠬᠥᠭᠵᠢᠯᠲᠡ ᠪᠠ ᠲᠦᠷᠭᠡᠨ ᠠᠬᠢᠭᠤᠯᠬᠤ ᠠᠵᠢᠯ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ ᠂ ᠮᠣᠩᠭᠣᠯ ᠬᠡᠯᠡᠨ ᠦ ᠣᠶᠤᠨᠴᠢ ᠮᠡᠳᠡᠭᠡ ᠵᠠᠩᠭᠢ ᠶᠢᠨ ᠰᠢᠶᠳᠪᠦᠷᠢᠯᠡᠯᠲᠡ ᠵᠢᠴᠢ ᠡᠭᠦᠯᠡᠨ ᠪᠤᠳᠤᠯᠲᠠ ᠶᠢᠨ ᠦᠶᠯᠡᠴᠢᠯᠡᠭᠡᠨ ᠦ ᠬᠠᠮᠢᠶ᠎ᠠ ᠪᠥᠬᠥᠶ ᠮᠡᠷᠭᠡᠵᠢᠯ ᠦᠨ ᠰᠢᠨ᠎ᠡ ᠶᠢ ᠡᠭᠦᠳᠬᠦ ᠪᠡᠷ ᠭᠣᠸᠯᠳᠠᠯᠭ᠎ᠠ ᠪᠣᠯᠭᠠᠵᠤ ᠂ ᠮᠣᠩᠭᠣᠯ ᠬᠡᠯᠡ ᠪᠡᠷ ᠭᠣᠸᠯ ᠪᠣᠯᠭᠠᠭᠰᠠᠨ ᠣᠶᠤᠨᠴᠢ ᠮᠡᠳᠡᠭᠡ ᠵᠠᠩᠭᠢ ᠰᠢᠢᠳᠪᠦᠷᠢᠯᠡᠬᠦ ᠮᠡᠷᠭᠡᠵᠢᠯ ᠣᠨᠴᠠᠯᠢᠭ ᠢ ᠳᠣᠪᠣᠶᠢᠯᠭᠠᠬᠤ ᠶᠢᠨ ᠬᠠᠮᠲᠤ ᠂ ᠣᠯᠠᠨ ᠬᠡᠯᠡᠨ ᠦ ᠵᠢᠴᠢ ᠡᠭᠦᠯᠡᠨ ᠪᠤᠳᠤᠯᠲᠠ ᠂ ᠲᠣᠮᠣ ᠳ᠋ᠠᠶᠢᠲ᠋ᠠ ᠂ ᠣᠯᠠᠨ ᠲᠥᠯᠥᠪ ᠵᠡᠷᠭᠡ ᠲᠠᠯ᠎ᠠ ᠶᠢᠨ ᠰᠤᠳᠤᠯᠭᠠᠨ ᠪᠠ ᠢᠨᠵᠸᠨ᠋ᠸᠷᠢᠩᠵᠢᠬᠦᠯᠦᠨ ᠨᠠᠶᠢᠳᠠᠪᠤᠷᠢᠵᠢᠭᠤᠯᠬᠤ ᠶᠢ ᠢᠳᠡᠪᠬᠢᠲᠡᠶ ᠥᠷᠭᠡᠳᠬᠡᠨ ᠂ ᠤᠯᠤᠰ ᠤᠨ ᠳᠣᠲᠣᠭᠠᠳᠤ ᠭᠠᠳᠠᠭᠠᠳᠤ ᠳᠠᠬᠢ ᠨᠥᠯᠥᠭᠡ ᠶᠢ ᠥᠷᠭᠡᠳᠬᠡᠵᠦ ᠂ ᠳᠡᠷᠢᠬᠦᠨ ᠵᠡᠷᠭᠡ ᠵᠢᠨ ᠴᠢᠳ᠋ᠠᠪᠤᠷᠢᠳ᠋ᠠᠨ ᠬᠥᠮᠦᠵᠢᠭᠦᠯᠦᠨ ᠂ ᠲᠡᠷᠢᠭᠦᠨ ᠦ ᠦᠷ᠎ᠡ ᠪᠦᠲᠦᠭᠡᠯ ᠢ ᠪᠣᠶ ᠪᠣᠯᠭᠠᠵᠤ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠦᠨ
ᠢᠨᠵᠧᠨᠧᠷᠢᠩ ᠦᠨ ᠰᠤᠳᠤᠯᠭᠠᠨ ᠤ ᠲᠥᠪ ᠦᠨ ᠡᠷᠬᠢᠯᠡᠭᠴᠢ ᠨᠢ ᠭᠣᠸ ᠭᠤᠸᠠᠩ ᠯᠠᠶ ‍ᠫᠷᠤᠹᠸᠰᠰᠤᠷ ᠂ ᠣᠲᠣ ᠲᠤᠰᠬᠠᠶ ᠮᠡᠷᠭᠡᠵᠢᠯ ᠦᠨ ᠠᠵᠢᠯᠲᠠᠨ 31 ᠪᠣᠶ ᠂ ᠡᠭᠦᠨ ᠳᠦ ‍ᠫᠷᠤᠹᠸᠰᠰᠤᠷ 11 ᠂ ᠰᠤᠳᠤᠯᠤᠭᠴᠢ 4 ᠂ ᠳᠡᠳ᠋ ‍ᠫᠷᠤᠹᠸᠰᠰᠤᠷ 9 ᠂ ᠳ᠋ᠣᠺᠲ᠋ᠣᠷᠠᠨᠲ᠋ ᠤᠨ ᠵᠢᠯᠣᠭᠣᠳᠣᠭᠴᠢ ᠪᠠᠭᠰᠢ 12 ᠂ 29 ᠳ᠋ᠣᠺᠲ᠋ᠣᠷ ᠴᠣᠯᠠ ᠲᠠᠶ ᠃ ᠲᠥᠷᠥ ᠶᠢᠨ ᠶᠠᠪᠤᠳᠠᠯ ᠤᠨ ᠬᠣᠷᠢᠶ᠎ᠠ ᠶᠢᠨ ᠵᠠᠰᠠᠭ ᠤᠨ ᠣᠷᠳᠣᠨ ᠤ ᠨᠡᠮᠡᠭᠦᠷᠢ ᠶᠢᠨ ᠲᠤᠰᠬᠠᠶ ᠮᠡᠷᠭᠡᠵᠢᠯᠲᠡᠨ 1 ᠬᠥᠮᠦᠨ ᠂ ᠥᠪᠡᠷᠲᠡᠭᠡᠨ ᠵᠠᠰᠠᠬᠤ ᠣᠷᠣᠨ ᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ 2 ᠬᠥᠮᠦᠨ ᠂ ᠥᠪᠡᠷᠲᠡᠭᠡᠨ ᠵᠠᠰᠠᠬᠤ ᠣᠷᠣᠨ ᠤ 》 ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ 《 ᠤ ᠢᠨᠵᠧᠨᠧᠷᠢᠩ ᠦᠨ ᠵᠢᠱᠢᠭᠳᠡᠭᠴᠢ 6 ᠬᠥᠮᠦᠨ ᠂ ᠥᠪᠡᠷᠲᠡᠭᠡᠨ ᠵᠠᠰᠠᠬᠤ ᠣᠷᠣᠨ ᠤ 》 321 ᠴᠢᠳ᠋ᠠᠪᠤᠷᠢᠳ᠋ᠠᠨ  ᠤ ᠡᠢᠨᠵᠧᠨ᠋ᠧᠷᠢᠡᠭ 《 ᠤᠨ ᠨᠢᠭᠡᠳᠦᠭᠡᠷ ᠲᠠᠰ ᠳᠠᠪᠬᠤᠷᠭ᠎ᠠ ᠶᠢᠨ ᠵᠢᠱᠢᠭᠳᠡᠭᠴᠢ 2 ᠬᠥᠮᠦᠨ ᠂ 》 ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ 《 ᠤ ᠰᠢᠨ᠎ᠡ ᠶᠢ ᠡᠭᠦᠳᠬᠦ ᠪᠠ ᠠᠳᠠᠯ ᠦᠶᠯᠡᠰ ᠴᠣᠭᠴᠠᠯᠠᠬᠤ ᠨᠢᠭᠡᠳᠦᠭᠡᠷ ᠲᠠᠰ ᠳᠠᠪᠬᠤᠷᠭ᠎ᠠ ᠶᠢᠨ ᠵᠠᠯᠠᠭᠤ ᠴᠢᠳᠠᠪᠤᠷᠢᠲᠠᠨ 1 ᠬᠥᠮᠦᠨ ᠪᠠᠶᠢᠨ᠎ᠠ ᠃ ᠢᠨᠵᠧᠨᠧᠷᠢᠩ ᠦᠨ ᠰᠤᠳᠤᠯᠭᠠᠨ ᠤ ᠲᠥᠪ ᠦᠨ ᠪᠦᠯᠬᠦᠮ 》 ᠮᠣᠩᠭᠣᠯ ᠬᠡᠯᠡᠨ ᠦ ᠵᠥᠭᠡᠯᠡᠨ ᠲᠣᠨᠣᠭ ᠤᠨ ᠰᠤᠳᠤᠯᠤᠯᠳᠡ ᠬᠢᠬᠦ ᠪᠡ ᠨᠡᠬᠡᠬᠡᠨ ᠠᠰᠢᠬᠯᠠᠬᠤ ᠪᠦᠯᠬᠦᠮ 《 ᠨᠢ 2012 ᠣᠨ ᠤ ᠥᠪᠡᠷᠲᠡᠭᠡᠨ ᠵᠠᠰᠠᠬᠤ ᠣᠷᠣᠨ ᠤ ᠲᠠᠯ᠎ᠠ ᠨᠤᠲᠤᠭ ᠤᠨ ᠭᠠᠷᠮᠠᠭᠠᠶ ᠴᠢᠳᠠᠪᠤᠷᠢᠲᠠᠨ ᠤ ᠠᠵᠤ ᠦᠶᠯᠡᠰ ᠦᠨ ᠰᠢᠨ᠎ᠡ ᠶᠢ ᠡᠭᠦᠳᠬᠦ ᠴᠢᠳᠠᠪᠤᠷᠢᠲᠠᠨ ᠤ ᠪᠦᠯᠬᠦᠮ ᠳᠦ ᠰᠣᠩᠭᠣᠭᠳᠠᠨ ᠣᠷᠣᠵᠤ ᠂ ᠪᠦᠯᠬᠦᠮ ᠨᠢ ᠲᠠᠰ ᠳᠠᠪᠬᠤᠷᠭ᠎ᠠ ᠪᠠᠷ ᠥᠨᠳᠥᠷ ᠂ ᠳᠡᠯᠡᠬᠡᠶᠢᠵᠢᠭᠰᠡᠨ ᠪᠠ ᠵᠠᠯᠠᠭᠤᠵᠢᠭᠰᠠᠨ ᠣᠨᠴᠠᠯᠢᠭ ᠲᠠᠶ ᠪᠣᠯᠵᠠᠶ ᠃
ᠣᠶᠢᠷ᠎ᠠ ᠶᠢᠨ ᠭᠤᠷᠪᠠᠨ ᠵᠢᠯ ᠳᠦ ᠂ ᠢᠨᠵᠧᠨᠧᠷᠢᠩ ᠦᠨ ᠰᠤᠳᠤᠯᠭᠠᠨ ᠤ ᠲᠥᠪ ᠨᠡᠶᠢᠲᠡ 70 ᠭᠠᠷᠤᠶ ᠵᠦᠶᠯ ᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠶᠯ ᠢ ᠳᠠᠭᠠᠭᠠᠨ ᠡᠭᠦᠷᠭᠡᠯᠡᠵᠦ ᠂ ᠡᠭᠦᠨ ᠳᠦ ᠤᠯᠤᠰ ᠤᠨ ᠭᠣᠸᠯᠳᠠᠯᠭ᠎ᠠ ᠲᠠᠶ ᠰᠤᠳᠤᠯᠤᠨ ᠨᠡᠭᠡᠭᠡᠬᠦ ᠲᠥᠯᠥᠪᠯᠡᠭᠡ ( ᠵᠠᠰᠠᠭ ᠤᠨ ᠣᠷᠳᠣᠨ ᠤ ᠬᠣᠭᠣᠷᠣᠨᠳᠣᠬᠢ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠭᠣᠸᠯᠳᠠᠯᠭ᠎ᠠ ᠲᠠᠶ ᠲᠤᠰᠬᠠᠶ ᠵᠦᠶᠯ )1 ᠵᠦᠶᠯ ᠂ ᠤᠯᠤᠰ  ᠦᠨ ᠪᠠᠢᠢᠭᠠᠯᠢ ᠵᠢᠨ ᠰᠢᠨᠵᠢᠯᠡᠬᠦ ᠤᠬᠠᠭᠠᠨ  ᠤ ᠰᠠᠭᠤᠷᠢ ᠮᠦᠨᠭᠭᠦ 23 ᠵᠦᠶᠯ ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠥ ᠶᠢᠨ ᠴᠢᠬᠤᠯᠠ ᠶᠡᠬᠡ ᠲᠥᠷᠥᠯ ᠵᠦᠶᠯ 3 ᠵᠦᠶᠯ ᠂ ᠪᠤᠰᠤᠳ ᠲᠥᠷᠥᠯ ᠵᠦᠶᠯ 48 ᠵᠦᠶᠯ ᠪᠠᠶᠢᠵᠤ ᠂ ᠲᠠᠩᠰᠠᠨ ᠳᠤ ᠣᠷᠣᠭᠤᠯᠤᠭᠰᠠᠨ ᠲᠥᠷᠥᠯ ᠵᠦᠶᠯ ᠦᠨ ᠵᠠᠷᠤᠳᠠᠯ ᠨᠡᠶᠢᠲᠡ 5000 ᠭᠠᠷᠤᠶ ᠲᠦᠮᠡᠨ ᠲᠥᠭᠥᠷᠢᠭ ᠲᠦ ᠬᠦᠷᠴᠡᠶ ᠃ ᠤᠯᠤᠰ ᠤᠨ ᠳᠣᠲᠣᠭᠠᠳᠤ ᠭᠠᠳᠠᠭᠠᠳᠤ ᠶᠢᠨ ᠲᠥᠯᠥᠭᠡᠯᠡᠬᠦ ᠴᠢᠨᠠᠷᠲᠠᠶ ᠰᠡᠳᠬᠦᠯ ᠪᠠ ᠡᠷᠳᠡᠮ ᠰᠢᠨᠵᠢᠯᠡᠭᠡᠨ ᠦ ᠬᠤᠷᠠᠯ ᠳᠤ 200 ᠭᠠᠷᠤᠶ ᠡᠷᠳᠡᠮ ᠰᠢᠨᠵᠢᠯᠡᠭᠡᠨ ᠦ ᠥᠭᠦᠯᠡᠯ ᠨᠡᠶᠢᠲᠡᠯᠡᠭᠦᠯᠦᠭᠰᠡᠨ ᠦ ᠳᠣᠲᠣᠷ᠎ᠠ TAᡀSP᠂ IᠼASSP᠂ ᠼOᡀIᠩG ᠵᠡᠷᠭᠡ ᠳᠡᠯᠡᠬᠡᠶ ᠶᠢᠨ ᠠᠯᠳᠠᠷᠲᠤ ᠡᠷᠳᠡᠮ ᠰᠢᠨᠵᠢᠯᠡᠭᠡᠨ ᠦ ᠰᠡᠳᠬᠦᠯ ᠪᠠ ᠬᠤᠷᠠᠯ ᠳᠤ 100 ᠭᠠᠷᠤᠶ ᠥᠭᠦᠯᠡᠯ ᠨᠡᠶᠢᠲᠡᠯᠡᠭᠦᠯᠵᠡᠶ᠃ ᠡᠭᠦᠳᠦᠯᠲᠡ ᠶᠢᠨ ᠲᠤᠰᠬᠠᠶ ᠠᠰᠢᠭ ᠤᠨ ᠡᠷᠬᠡ ᠶᠢ 13 ᠵᠦᠢᠯ ᠣᠯᠭᠣᠪᠠ᠃
ᠮᠣᠩᠭᠣᠯ ᠬᠡᠯᠡᠨ ᠦ ᠠᠪᠢᠶ᠎ᠠ ᠶᠢ ᠢᠯᠭᠠᠨ ᠲᠠᠨᠢᠬᠤ ᠪᠠ ᠨᠡᠶᠢᠯᠡᠭᠦᠯᠬᠦ ᠂ ᠰᠢᠨ᠎ᠡ ᠮᠣᠩᠭᠣᠯ ᠬᠡᠯᠡ ᠪᠠ ᠤᠯᠠᠮᠵᠢᠯᠠᠯᠲᠤ ᠮᠣᠩᠭᠣᠯ ᠬᠡᠯᠡ ᠶᠢ ᠬᠠᠷᠢᠯᠴᠠᠨ ᠰᠣᠯᠢᠬᠤ ᠂ ᠮᠣᠩᠭᠣᠯ ᠬᠢᠲᠠᠳ ᠣᠷᠴᠢᠭᠤᠯᠭ᠎ᠠ ᠂ ᠮᠣᠩᠭᠣᠯ ᠬᠡᠯᠡᠨ ᠦ Oᠼᠿ ᠪᠠ ᠭᠠᠷ ᠢᠶᠠᠷ ᠢᠯᠭᠠᠨ ᠲᠠᠨᠢᠬᠤ ᠂ ᠮᠣᠩᠭᠣᠯ ᠬᠡᠯᠡᠨ ᠦ ᠵᠠᠯᠠᠷᠠᠭᠤᠯᠭ᠎ᠠ ᠂ ᠮᠣᠩᠭᠣᠯ ᠬᠡᠯᠡᠨ ᠦ ᠣᠶᠤᠨᠴᠢ ᠣᠷᠣᠭᠤᠯᠤᠯᠲᠠ ᠶᠢᠨ ᠠᠷᠭ᠎ᠠ ᠪᠠ ᠮᠣᠩᠭᠣᠯ ᠬᠡᠯᠡᠨ ᠦ AI ᠨᠡᠶᠢᠯᠡᠮᠡᠯ ᠭᠣᠸᠯ ᠨᠡᠪᠲᠡᠷᠡᠭᠦᠯᠭᠡ ᠵᠡᠷᠭᠡ ᠠᠯᠢ ᠣᠯᠠᠨ ᠣᠶᠤᠨᠴᠢ ᠰᠢᠰᠲ᠋ᠧᠮ ᠪᠠ ᠵᠥᠭᠡᠯᠡᠨ ᠲᠣᠨᠣᠭ ᠢ ᠰᠤᠳᠤᠯᠤᠨ ᠨᠡᠭᠡᠭᠡᠵᠦ ᠂ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠦ ᠬᠡᠯᠡᠨ ᠦ ᠣᠶᠤᠨᠴᠢ ᠮᠡᠳᠡᠭᠡ ᠵᠠᠩᠭᠢ ᠶᠢ ᠰᠢᠶᠳᠪᠦᠷᠢᠯᠡᠬᠦ ᠬᠦᠷᠢᠶᠡᠨ ᠳᠡᠬᠢ ᠣᠯᠠᠨ ᠵᠦᠶᠯ ᠦᠨ ᠬᠣᠭᠣᠰᠣᠨ ᠢ ᠨᠥᠬᠥᠪᠥᠷᠢᠯᠡᠭᠰᠡᠨ ᠪᠥᠭᠡᠳ ᠤᠬᠠᠭᠤᠯᠭ᠎ᠠ ᠂ ᠰᠤᠷᠭᠠᠨ ᠬᠥᠮᠦᠵᠢᠯ ᠂ ᠵᠠᠰᠠᠭ ᠤᠨ ᠶᠠᠪᠤᠳᠠᠯ ᠪᠠ ᠠᠮᠤᠷ ᠲᠦᠪᠰᠢᠨ ᠵᠡᠷᠭᠡ ᠣᠯᠠᠨ ᠬᠦᠷᠢᠶᠡᠨ ᠳᠦ ᠥᠷᠭᠡᠨ ᠢᠶᠡᠷ ᠬᠡᠷᠡᠭᠯᠡᠵᠦ ᠂ ᠴᠥᠭᠡᠨ ᠲᠣᠭᠠᠲᠤ ᠦᠨᠳᠦᠰᠦᠲᠡᠨ ᠦ ᠬᠡᠯᠡᠨ ᠦ ᠣᠶᠤᠨᠴᠢ ᠮᠡᠳᠡᠭᠡ ᠵᠠᠩᠭᠢᠵᠢᠯᠲᠠ ᠪᠠ ᠦᠪᠤᠷ ᠮᠤᠨᠭᠭᠤᠯ ‍ᠤᠨ ᠦᠪᠡᠷᠳᠡᠬᠡᠨ ᠵᠠᠰᠠᠬᠤ ᠤᠷᠤᠨ ᠣᠶᠤᠨᠴᠢ ᠮᠡᠳᠡᠭᠡ ᠵᠠᠩᠭᠢ ᠶᠢᠨ ᠠᠵᠤ ᠦᠶᠯᠡᠰ ᠦᠨ ᠬᠥᠭᠵᠢᠯᠲᠡ ᠳᠦ ᠴᠢᠬᠤᠯᠠ ᠠᠬᠢᠭᠤᠯᠬᠤ ᠦᠶᠯᠡᠳᠦᠯ ᠦᠵᠡᠭᠦᠯᠵᠦ ᠂ ᠰᠢᠯᠢᠳᠡᠭ ᠰᠣᠶᠣᠯ ᠢ ᠤᠯᠠᠮᠵᠢᠯᠠᠨ ᠬᠠᠮᠠᠭᠠᠯᠠᠬᠤ ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠪᠠ ᠳᠤᠮᠳᠠᠳᠤ ᠮᠣᠩᠭᠣᠯ ᠬᠣᠶᠠᠷ ᠡᠭᠦᠨ ᠳᠦ ᠂ ᠰᠤᠳᠤᠯᠤᠨ ᠨᠡᠭᠡᠭᠡᠭᠰᠡᠨ 》 ᠮᠣᠩᠭᠣᠯ ᠬᠡᠯᠡᠨ ᠦ ᠵᠣᠬᠢᠶᠠᠮᠠᠯ ᠤᠶᠤᠨ ᠴᠢᠳᠠᠪᠤᠷᠢ ᠡᠭᠦᠯᠡᠨ ᠦᠶᠯᠡᠴᠢᠯᠡᠭᠡᠨ ᠦ ᠲᠠᠪᠴᠠᠩ 《 ᠨᠢ 2022 ᠣᠨ ᠤ ᠰᠤᠷᠭᠠᠨ ᠬᠥᠮᠦᠵᠢᠯ ᠦᠨ ᠶᠠᠮᠤᠨ ᠤ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠯᠢᠳᠡᠭ ᠦᠷ᠎ᠡ ᠪᠦᠲᠦᠭᠡᠯ ᠦᠨ ᠱᠠᠩᠨᠠᠯ ( ᠰᠢᠨᠵᠢᠯᠡᠬᠦ ᠤᠬᠠᠭᠠᠨ ᠮᠡᠷᠭᠡᠵᠢᠯ )︱ ᠰᠢᠨᠵᠢᠯᠡᠬᠦ ᠤᠬᠠᠭᠠᠨ ᠮᠡᠷᠭᠡᠵᠢᠯ ᠦᠨ ᠳᠠᠪᠰᠢᠯᠲᠠ ᠶᠢᠨ ᠬᠣᠶᠠᠳᠤᠭᠠᠷ ᠳᠡᠰ ᠤᠨ ᠱᠠᠩᠨᠠᠯ ᠪᠠ 2020 ᠣᠨ ᠤ 》 ᠼᠼF ᠰᠢᠨᠵᠢᠯᠡᠬᠦ ᠤᠬᠠᠭᠠᠨ ᠮᠡᠷᠭᠡᠵᠢᠯ ᠦᠨ ᠱᠠᠩᠨᠠᠯ 《 ︱ ᠰᠢᠨᠵᠢᠯᠡᠬᠦ ᠤᠬᠠᠭᠠᠨ ᠮᠡᠷᠭᠡᠵᠢᠯ ᠦᠨ ᠳᠠᠪᠰᠢᠯᠲᠠ ᠶᠢᠨ ᠭᠠᠷᠮᠠᠭᠠᠶ ᠱᠠᠩᠨᠠᠯ ᠢ ᠭᠥᠷᠳᠡᠪᠡ ᠂ ᠲᠣᠰ ᠲᠠᠪᠴᠠᠩ ᠪᠣᠯ ᠪᠦᠯᠬᠦᠮ ᠨᠡᠶᠢᠲᠡ ᠶᠢᠨ ᠮᠣᠩᠭᠣᠯ ᠬᠡᠯᠡᠨ ᠦ ᠵᠣᠬᠢᠶᠠᠮᠠᠯ ᠤᠶᠤᠨ ᠴᠢᠳᠠᠪᠤᠷᠢ ᠬᠠᠮᠢᠶ᠎ᠠ ᠪᠥᠬᠥᠶ ᠮᠡᠷᠭᠡᠵᠢᠯ ᠦᠨ ᠰᠤᠳᠤᠯᠤᠨ ᠨᠡᠭᠡᠭᠡᠯᠲᠡ ᠪᠠ ᠬᠡᠷᠡᠭᠯᠡᠯᠲᠡ ᠳᠡᠯᠭᠡᠷᠡᠭᠦᠯᠦᠯᠲᠡ ᠶᠢᠨ ᠲᠠᠯ᠎ᠠ ᠪᠠᠷ ᠣᠯᠤᠭᠰᠠᠨ ᠰᠢᠪᠲᠤᠯᠤᠯᠲᠠ ᠶᠢᠨ ᠴᠢᠨᠠᠷᠲᠠᠶ ᠦᠷ᠎ᠡ ᠪᠦᠲᠦᠭᠡᠯ ᠮᠥᠨ ᠂ ᠥᠪᠡᠷᠲᠡᠭᠡᠨ ᠵᠠᠰᠠᠬᠤ ᠣᠷᠣᠨ ᠤ ᠺᠣᠮᠫᠢᠦ᠋ᠲ᠋ᠧᠷ ᠦᠨ ᠮᠡᠷᠭᠡᠵᠢᠯ ᠦᠨ ᠬᠦᠷᠢᠶᠡᠨ ᠳᠡᠬᠢ ᠬᠥᠭᠵᠢᠯᠲᠡ ᠶᠢᠨ ᠴᠢᠬᠤᠯᠠ ᠰᠢᠪᠲᠤᠯᠤᠯᠲᠠ ᠮᠥᠨ ᠃
2019 ᠣᠨ ᠤ 7 ᠰᠠᠷ᠎ᠠ ᠶᠢᠨ 16 ᠡᠳᠦᠷ᠂ ᠶᠡᠷᠦᠩᠬᠡᠢ ᠱᠦᠵᠢ   ᠥᠪᠥᠷ ᠮᠣᠩᠭᠣᠯ ᠤᠨ ᠶᠡᠬᠡ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠳᠠᠭᠠᠨ᠂ ᠮᠣᠩᠭᠣᠯ ᠬᠡᠯᠡᠨ ᠦ ᠡᠷᠲᠡᠨ ᠦ ᠨᠣᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠠᠮᠠᠭᠠᠯᠠᠬᠤ ᠶᠢ ᠴᠢᠩᠭᠠᠳᠬᠠᠵᠤ᠂ ᠡᠭᠦᠨ ᠳᠦ ᠠᠭᠤᠯᠤᠭᠳᠠᠵᠤ ᠪᠠᠶᠢᠭ᠎ᠠ ᠦᠨᠳᠦᠰᠦᠳᠡᠨ ᠤ ᠪᠦᠯᠬᠦᠮᠳᠡᠯ ᠲᠠᠪᠰᠢᠯᠳᠠ ᠦᠵᠡᠯ ᠰᠠᠨᠠᠭᠠᠨ ᠤ ᠠᠭᠤᠯᠤᠭᠳᠠᠬᠤᠨ ᠢ ᠠᠭᠤᠳᠠᠯᠤᠨ ᠪᠠᠳᠠᠷᠠᠭᠤᠯᠵᠤ᠂ ᠦᠨᠳᠦᠰᠦᠲᠡᠨ ᠨᠦᠭᠦᠳ ᠦᠨ ᠠᠷᠠᠳ ᠲᠦᠮᠡᠨ ᠦ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠸᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠲᠣᠰ ᠪᠦᠯᠬᠦᠮ ᠨᠢ ᠮᠣᠩᠭᠣᠯ ᠬᠡᠯᠡᠨ ᠦ ᠡᠷᠲᠡᠨ ᠦ ᠨᠣᠮ ᠪᠢᠴᠢᠭ ᠦᠨ ᠲᠤᠯᠭᠤᠷ ᠪᠢᠴᠢᠭ ᠦᠨ ᠲᠣᠭᠠᠵᠢᠭᠤᠯᠬᠤ ᠪᠠ ᠬᠠᠮᠢᠶ᠎ᠠ ᠪᠥᠬᠥᠶ ᠣᠶᠤᠨᠴᠢ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠦᠭᠰᠡᠨ ᠪᠥᠭᠡᠳ ᠦᠪᠤᠷ ᠮᠤᠨᠭᠭᠤᠯ ‍ᠤᠨ ᠦᠪᠡᠷᠳᠡᠬᠡᠨ ᠵᠠᠰᠠᠬᠤ ᠤᠷᠤᠨ ᠵᠢᠨ ᠵᠠᠰᠠᠭ ᠤᠨ ᠣᠷᠳᠣᠨ ᠤ ᠴᠢᠬᠤᠯᠠ ᠶᠡᠬᠡ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠬᠤ 》 ᠮᠣᠩᠭᠣᠯ ᠬᠡᠯᠡᠨ ᠦ ᠡᠷᠲᠡᠨ ᠦ ᠨᠣᠮ ᠪᠢᠴᠢᠭ ᠦᠨ ᠲᠤᠯᠭᠤᠷ ᠪᠢᠴᠢᠭ ᠦᠨ ᠲᠣᠭᠠᠵᠢᠭᠤᠯᠬᠤ ᠢᠨᠵᠧᠨᠧᠷᠢᠩ 《 ᠢ ᠡᠷᠭᠢᠯᠡᠪᠡ ᠃ ᠲᠤᠰ ᠠᠵᠢᠯ ᠨᠢ ᠮᠣᠩᠭᠣᠯ ᠬᠡᠯᠡᠨ ᠦ ᠡᠷᠲᠡᠨ ᠦ ᠨᠣᠮ ᠪᠢᠴᠢᠭ ᠢ ᠬᠠᠮᠠᠭᠠᠯᠠᠬᠤ ᠪᠠ ᠠᠰᠢᠭᠯᠠᠬᠤ ᠳᠤ ᠪᠠᠲᠤ ᠪᠡᠬᠢ ᠰᠠᠭᠤᠷᠢ ᠲᠠᠯᠪᠢᠨ ᠥᠭᠴᠦ᠂ ᠳᠤᠮᠳᠠᠳᠤ ᠶᠢᠨ ᠦᠨᠳᠦᠰᠦᠲᠡᠨ ᠦ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ  ᠢ ᠪᠡᠬᠢᠵᠢᠭᠦᠯᠦᠨ ᠬᠥᠭᠵᠢᠭᠦᠯᠬᠦ ᠳᠦ ᠴᠢᠬᠤᠯᠠ ᠠᠴᠢ ᠬᠣᠯᠪᠣᠭᠳᠠᠯ ᠲᠠᠶ ᠶᠤᠮ᠃
马建仓 AI 助手
尝试更多
代码解读
代码找茬
代码优化
C++
1
https://gitee.com/thjkhdf12/kylin-imu.git
git@gitee.com:thjkhdf12/kylin-imu.git
thjkhdf12
kylin-imu
kylin-imu
master

搜索帮助

23e8dbc6 1850385 7e0993f3 1850385